         
 
  1506514
   4592
   2012-12-15
   2018-06-21
  17
 
 
      
 
   2018-06-06 10:20
  75 
0

︽ᠤᠶᠤᠨᠲᠦ ᠨᠡᠶᠢᠲᠡ ᠶᠢᠨ ᠮᠠᠰᠢᠨ ᠲᠡᠷᠭᠡ︾ ᠂ ︽ᠤᠶᠤᠨᠲᠦ ᠡᠮᠨᠡᠯᠭᠡ︾᠂ ︽ᠤᠶᠤᠨᠲᠦ ᠨᠠᠰᠤᠵᠢᠯ ᠤᠨ ᠠᠰᠠᠷᠠᠮᠵᠢ︾᠂ ︽ᠤᠶᠤᠨᠲᠦ ᠬᠢᠯᠢ ᠶᠢᠨ ᠪᠤᠭᠤᠮᠲᠠ︾ ᠵᠡᠷᠭᠡ ᠲᠦᠷᠦᠯ ᠵᠦᠢᠯ ᠨᠢ ᠤᠯᠠᠨ ᠲᠦᠮᠡᠨ ᠳᠤ ᠰᠢᠨ᠎ᠡ ᠤᠶᠤᠨᠳᠤ ᠦᠢᠯᠡᠴᠢᠯᠡᠭᠡ ᠬᠠᠩᠭᠠᠵᠦ᠂ ᠠᠷᠠᠳ ᠤᠨ ᠠᠮᠢᠳᠤᠷᠠᠯ ᠤᠨ ᠤᠶᠤᠨᠲᠦ ᠬᠡᠷᠡᠭᠯᠡᠭᠡ ᠂ ᠤᠯᠠᠨ ᠲᠦᠮᠡᠨ ᠳᠤ ᠲᠠᠭᠠᠰᠢᠶᠠᠬᠲᠠᠵᠦ ᠪᠤᠢ᠃

ᠤᠶᠤᠨᠲᠦ ᠨᠡᠶᠢᠲᠡ ᠶᠢᠨ ᠮᠠᠰᠢᠨ ᠲᠡᠷᠭᠡ  5 ᠰᠠᠷ᠎ᠠ ᠶᠢᠨ 11᠎ ᠤ ᠡᠲᠦᠷ᠂ ᠲᠤᠮᠲᠠᠲᠤ ᠤᠯᠤᠰ ᠤᠨ ᠪᠠᠩᠬᠢ ᠶᠢᠨ ᠺᠠᠷᠲ ᠤᠨ ᠬᠤᠯᠪᠤᠭᠠᠨ ᠤ ᠵᠤᠬᠢᠶᠠᠨ ᠪᠠᠶᠢᠭᠤᠯᠤᠯᠲᠠ ᠶᠢᠨ ᠦᠪᠦᠷ ᠮᠤᠩᠭᠤᠯ ᠤᠨ ᠬᠤᠪᠢᠶᠠᠷᠢ ᠺᠤᠮᠫᠠᠨᠢ ᠪᠤᠯᠤᠨ ᠪᠤᠭᠤᠲᠦ ᠬᠤᠲᠠ ᠶᠢᠨ ᠪᠦᠷᠢᠨ ᠴᠢᠲᠠᠮᠵᠢᠲᠦ ᠺᠠᠷᠲ ᠤᠨ ᠬᠢᠵᠠᠭᠠᠷᠲᠦ ᠺᠤᠮᠫᠠᠨᠢ ︽ᠤᠶᠤᠨᠲᠦ ᠨᠡᠶᠢᠲᠡ ᠶᠢᠨ ᠮᠠᠰᠢᠨ ᠲᠡᠷᠭᠡ︾᠎ ᠶᠢᠨ ᠲᠦᠷᠦᠯ ᠵᠦᠢᠯ ᠳᠤ ᠬᠡᠷ᠎ᠡ ᠲᠤᠬᠲᠠᠬᠤ ᠶᠤᠰᠤᠯᠠᠯ ᠶᠠᠪᠤᠬᠲᠠᠭᠤᠯᠵᠦ᠂ ᠡᠨᠡ ᠨᠢ ᠪᠤᠭᠤᠲᠦ ᠬᠤᠲᠠ 2015 ᠤᠨ ᠳᠤ ᠪᠦᠬᠦ ᠤᠯᠤᠰ ᠤᠨ ᠲᠦᠷᠦᠭᠦᠦ ᠪᠦᠯᠦᠭ ᠤᠨ᠂ ᠦᠪᠦᠷ ᠮᠤᠩᠭᠤᠯ ᠤᠨ ᠵᠠᠮ ᠬᠠᠷᠢᠯᠴᠠᠭᠠᠨ ᠤ ᠪᠦᠷᠢᠨ ᠴᠢᠲᠠᠮᠵᠢᠲᠦ ᠺᠠᠷᠲ ᠤᠨ ᠬᠠᠷᠢᠯᠴᠠᠨ ᠬᠤᠯᠪᠤᠭᠠᠯᠠᠨ ᠬᠠᠷᠢᠯᠴᠠᠨ ᠨᠡᠪᠲᠡᠷᠡᠯᠴᠡᠬᠦ ᠬᠠᠮᠤᠭ ᠲᠦᠷᠦᠭᠦᠨ ᠤ ᠬᠤᠲᠠ ᠪᠤᠯᠤᠬᠰᠠᠨ ᠤ ᠲᠠᠷᠠᠭᠠᠬᠢ᠂ ᠪᠠᠰᠠ ᠨᠢᠭᠡᠨ ᠤᠳᠠᠭ᠎ᠠ ᠪᠦᠬᠦ ᠤᠯᠤᠰ ᠤᠨ 100 ᠰᠢᠯᠵᠢᠭᠡ ᠲᠤᠭᠠᠴᠠᠭ᠎ᠠ ᠬᠢᠵᠦ ᠠᠷᠠᠳ ᠲᠤ ᠲᠦᠭᠦᠮ ᠦᠵᠡᠭᠦᠯᠬᠦ ᠵᠢᠱᠢᠶ᠎ᠡ ᠦᠵᠡᠭᠦᠯᠬᠦ ᠬᠤᠲᠠ ᠶᠢᠨ ᠬᠤᠪᠢ ᠪᠠᠷ ᠦᠪᠦᠷ ᠮᠤᠩᠭᠤᠯ ᠤᠷᠤᠨ ᠳᠤ ᠤᠯᠠᠨ ᠨᠡᠶᠢᠲᠡ ᠶᠢᠨ ᠮᠠᠰᠢᠨ ᠲᠡᠷᠭᠡᠨ ᠤ ᠬᠦᠷᠢᠶ᠎ᠡ ᠴᠠᠷᠠᠭᠠᠨ ᠳᠤ ᠬᠠᠮᠤᠭ ᠤᠨ ᠲᠦᠷᠦᠭᠦᠦ ᠨᠡᠶᠢᠲᠠᠪᠤᠷᠢᠵᠢᠭᠤᠯᠤᠬᠰᠠᠨ ᠬᠤᠲᠠ ᠪᠤᠯᠵᠠᠢ᠃ ᠪᠤᠭᠤᠲᠦ ᠬᠤᠲᠠ ᠶᠢᠨ ᠲᠤᠰ ᠤᠳᠠᠭ᠎ᠠ ᠶᠢᠨ ︽ᠤᠶᠤᠨᠲᠦ ᠨᠡᠶᠢᠲᠡ ᠶᠢᠨ ᠮᠠᠰᠢᠨ ᠲᠡᠷᠭᠡ︾᠎ ᠶᠢᠨ ᠲᠦᠷᠦᠯ ᠵᠦᠢᠯ ᠨᠢ ᠲᠤᠮᠲᠠᠲᠤ ᠤᠯᠤᠰ ᠤᠨ ᠪᠠᠩᠬᠢ ᠶᠢᠨ ᠬᠤᠯᠪᠤᠭᠠᠨ ᠤ ᠵᠤᠬᠢᠶᠠᠨ ᠪᠠᠶᠢᠭᠤᠯᠤᠯᠲᠠ ᠶᠢᠨ ᠰᠢᠯᠵᠢᠭᠡ ᠲᠤᠭᠠᠴᠠᠭ᠎ᠠ ᠬᠢᠬᠦ ᠦᠢᠯᠡᠳᠭᠦᠨ ᠳᠤ ᠲᠦᠰᠢᠭᠯᠡᠨ᠂ ᠤᠯᠠᠮᠵᠢᠯᠠᠯᠲᠦ ᠪᠢᠯᠧᠲ ᠬᠤᠳᠠᠯᠳᠤᠬᠤ ᠵᠠᠬᠪᠤᠷ ᠲᠤ ᠲᠤᠮᠲᠠᠲᠤ ᠤᠯᠤᠰ ᠤᠨ ᠪᠠᠩᠬᠢ ᠶᠢᠨ ᠬᠤᠯᠪᠤᠭᠠᠨ ᠤ ᠵᠤᠬᠢᠶᠠᠨ ᠪᠠᠶᠢᠭᠤᠯᠤᠯᠲᠠ ᠶᠢᠨ ᠰᠢᠯᠵᠢᠭᠡ ᠲᠤᠭᠠᠴᠠᠭ᠎ᠠ ᠬᠢᠬᠦ ᠠᠷᠭ᠎ᠠ ᠬᠡᠯᠪᠡᠷᠢ ᠶᠢ ᠨᠡᠮᠡᠭᠰᠡᠨ ᠪᠠᠶᠢᠨ᠎ᠠ᠃ ᠲᠤᠰ ᠲᠦᠷᠦᠯ ᠵᠦᠢᠯ ᠤᠨ ᠲᠦᠰᠦᠪᠯᠡᠭᠰᠡᠨ ᠢᠶᠠᠷ᠂ 5 ᠰᠠᠷ᠎ᠠ ᠶᠢᠨ ᠰᠡᠭᠦᠯᠴᠢ ᠠᠴᠠ ᠡᠮᠦᠨ᠎ᠡ ᠪᠤᠭᠤᠲᠦ ᠬᠤᠲᠠ 1400 ᠰᠢᠬᠠᠮ ᠨᠡᠶᠢᠲᠡ ᠶᠢᠨ ᠮᠠᠰᠢᠨ ᠲᠡᠷᠭᠡᠨ ᠳᠠᠬᠢ ᠦᠵᠦᠭᠦᠷᠯᠢᠭ ᠮᠠᠰᠢᠨ ᠲᠦᠭᠦᠭᠡᠷᠦᠮᠵᠢ ᠶᠢ ᠲᠡᠰ ᠲᠡᠪᠰᠢᠭᠦᠯᠦᠨ ᠦᠭᠡᠷᠡᠴᠢᠯᠡᠬᠦ ᠠᠵᠢᠯ ᠢ ᠲᠠᠭᠤᠰᠬᠠᠵᠦ᠂ 6 ᠰᠠᠷ᠎ᠠ ᠶᠢᠨ ᠡᠬᠢᠨ ᠳᠤ ᠲᠤᠮᠲᠠᠲᠤ ᠤᠯᠤᠰ ᠤᠨ ᠪᠠᠩᠬᠢ ᠶᠢᠨ ᠬᠤᠯᠪᠤᠭᠠᠨ ᠤ ᠵᠤᠬᠢᠶᠠᠨ ᠪᠠᠶᠢᠭᠤᠯᠤᠯᠲᠠ ᠶᠢᠨ ᠺᠠᠷᠲ ᠤᠨ ᠰᠢᠯᠵᠢᠭᠡ ᠲᠤᠭᠠᠴᠠᠭ᠎ᠠ ᠬᠢᠬᠦ᠂ ᠲᠤᠮᠲᠠᠲᠤ ᠤᠯᠤᠰ ᠤᠨ ᠪᠠᠩᠬᠢ ᠶᠢᠨ ᠬᠤᠯᠪᠤᠭᠠᠨ ᠤ ᠵᠤᠬᠢᠶᠠᠨ ᠪᠠᠶᠢᠭᠤᠯᠤᠯᠲᠠ ᠶᠢᠨ ᠭᠠᠷ ᠮᠠᠰᠢᠨ ᠤ ᠰᠢᠯᠵᠢᠭᠡ ᠲᠤᠭᠠᠴᠠᠭ᠎ᠠ ᠬᠢᠬᠦ ᠶᠢ ᠪᠦᠬᠦ ᠲᠠᠯ᠎ᠠ ᠪᠠᠷ ᠲᠡᠮᠵᠢᠵᠦ᠂ 7 ᠰᠠᠷ᠎ᠠ ᠳᠤ ᠡᠭᠦᠯᠡᠨ ᠰᠢᠯᠵᠢᠭᠡ ᠲᠤᠭᠠᠴᠠᠭ᠎ᠠ ᠬᠢᠬᠦ APP᠂ ᠪᠤᠭᠤᠲᠦ ᠬᠤᠲᠠ ᠶᠢᠨ ᠨᠡᠪᠲᠡᠷᠬᠡᠢ APP᠎ ᠶᠢᠨ ᠬᠤᠶᠠᠷ ᠬᠡᠮᠵᠢᠯᠲᠦ ᠺᠤᠳ᠋ ᠢ ᠰᠢᠷᠪᠢᠬᠦ ᠴᠢᠲᠠᠪᠬᠢ ᠶᠢ ᠨᠡᠪᠲᠡᠷᠡᠭᠦᠯᠬᠦ ᠪᠤᠯᠤᠨ᠎ᠠ᠃ ᠲᠦᠷᠦᠯ ᠵᠦᠢᠯ ᠨᠢ ᠠᠰᠢᠬᠯᠠᠯᠲᠠ ᠳᠤ ᠤᠷᠤᠬᠰᠠᠨ ᠤ ᠳᠠᠷᠠᠭ᠎ᠠ᠂ ᠪᠤᠭᠤᠲᠦ ᠬᠤᠲᠠ ᠶᠢᠨ ᠰᠠᠭᠤᠭᠠᠯᠢ ᠠᠷᠠᠳ ᠬᠢᠯᠢ ᠶᠢᠨ ᠲᠤᠲᠤᠨ᠎ᠠ ᠭᠠᠲᠠᠨᠠᠬᠢ ᠲᠤᠷ᠎ᠠ ᠶᠢᠨ ᠨᠢᠭᠡ ᠪᠠᠩᠬᠢ ᠶᠢᠨ ᠲᠠᠷᠬᠠᠭᠠᠬᠰᠠᠨ ᠲᠤᠮᠲᠠᠲᠤ ᠤᠯᠤᠰ ᠤᠨ ᠪᠠᠩᠬᠢ ᠶᠢᠨ ᠬᠤᠯᠪᠤᠭᠠᠨ ᠤ ᠵᠤᠬᠢᠶᠠᠨ ᠪᠠᠶᠢᠭᠤᠯᠤᠯᠲᠠ ᠶᠢᠨ ᠲᠡᠮᠲᠡᠭᠲᠦ ᠮᠦᠩᠬᠦᠨ ᠬᠦᠢᠯᠭᠡᠭᠡᠨ ᠤ IC ᠺᠠᠷᠲ ᠵᠢᠴᠢ ᠤᠶᠤᠨᠲᠦ ᠭᠠᠷ ᠤᠳᠠᠰᠤ᠂ ᠭᠠᠷ ᠴᠠᠬ᠂ ᠭᠠᠷ ᠭᠠᠷᠤᠭ᠎ᠠ ᠵᠡᠷᠭᠡ ᠲᠦᠭᠦᠭᠡᠷᠦᠮᠵᠢ ᠶᠢ ᠪᠡᠶ᠎ᠡ ᠳᠡᠭᠡᠨ ᠠᠪᠴᠤ ᠶᠠᠪᠤᠬᠤ ᠳᠤ ᠬᠦᠷᠪᠡᠯ᠂ ᠰᠢᠭᠤᠳ ᠰᠢᠯᠵᠢᠭᠡ ᠲᠤᠭᠠᠴᠠᠭ᠎ᠠ ᠬᠢᠵᠦ ᠪᠢᠯᠧᠲ ᠬᠤᠲᠠᠯᠲᠤᠨ ᠠᠪᠴᠤ ᠲᠡᠷᠭᠡᠨ ᠳᠤ ᠰᠠᠭᠤᠵᠦ ᠪᠤᠯᠤᠨ᠎ᠠ᠃ ᠲᠤᠮᠲᠠᠲᠤ ᠤᠯᠤᠰ ᠤᠨ ᠪᠠᠩᠬᠢ ᠶᠢᠨ ᠬᠤᠯᠪᠤᠭᠠᠨ ᠤ ᠵᠤᠬᠢᠶᠠᠨ ᠪᠠᠶᠢᠭᠤᠯᠤᠯᠲᠠ ᠪᠠᠰᠠ ︽1 ᠮᠦᠩᠬᠦ ᠪᠠᠷ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ︾ ᠬᠠᠷᠠᠭᠠᠯᠵᠠᠯ ᠤᠨ ᠠᠵᠢᠯᠯᠠᠭ᠎ᠠ ᠦᠷᠨᠢᠭᠦᠯᠦᠨ᠂ ᠬᠤᠲᠠ ᠶᠢᠨ ᠠᠷᠠᠳ ᠤᠨ ᠲᠤᠤᠷ᠎ᠠ ᠨᠡᠭᠦᠷᠡᠰᠦᠳᠦ᠋ᠷᠦᠭᠴᠢᠲᠦ ᠤᠷᠴᠢᠨ ᠲᠤᠭᠤᠷᠢᠨ ᠢ ᠬᠠᠮᠠᠭᠠᠯᠠᠬᠤ ᠪᠤᠬᠢᠷᠲᠦᠯ ᠦᠭᠡᠢ ᠠᠶᠠᠯᠠᠯ ᠢ ᠤᠷᠢᠶᠠᠯᠠᠵᠦ᠂ ᠨᠡᠶᠢᠲᠡ ᠶᠢᠨ ᠮᠠᠰᠢᠨ ᠳᠤ ᠰᠠᠭᠤᠭ᠎ᠠ ᠬᠡᠷᠡᠭᠯᠡᠭᠴᠢᠳ ᠲᠤ ᠠᠮᠤᠷ ᠲᠦᠪᠰᠢᠨ᠂ ᠲᠦᠭᠦᠮ ᠲᠦᠲᠡ ᠲᠤᠭᠠᠴᠠᠭ᠎ᠠ ᠬᠢᠬᠦ ᠦᠩᠭᠡᠷᠡᠯᠲᠡ ᠶᠢ ᠡᠳ᠋ᠯᠡᠭᠦᠯᠬᠦ ᠶᠢᠨ ᠬᠠᠮᠲᠦ ᠦᠨᠡᠨ ᠪᠤᠲᠠᠲᠠᠢ ᠰᠢᠯᠢᠲᠡᠭ ᠦᠢᠯᠡᠴᠢᠯᠡᠭᠡ ᠬᠠᠩᠭᠠᠬᠤ ᠪᠤᠯᠤᠨ᠎ᠠ᠃

ᠤᠶᠤᠨᠲᠦ ᠡᠮᠨᠡᠯᠭᠡ  ᠡᠮᠴᠢᠯᠡᠭᠡᠨ ᠤ ᠦᠢᠯᠡᠴᠢᠯᠡᠭᠡ ᠬᠠᠮᠢᠶᠠᠷᠤᠯᠲᠠ ᠶᠢ ᠴᠢᠨᠠᠬᠰᠢᠲᠠ ᠴᠢᠩᠭᠠᠳᠬᠠᠨ᠂ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠲᠡᠭᠡᠭᠰᠢᠯᠡᠭᠦᠯᠦᠨ᠂ ᠤᠯᠠᠨ ᠲᠦᠮᠡᠨ ᠤ ᠡᠪᠡᠳᠴᠢᠨ ᠦᠵᠡᠭᠦᠯᠦᠭᠰᠡᠨ ᠲᠦᠷᠦᠭᠲᠡᠯ ᠢ ᠰᠠᠶᠢᠵᠢᠷᠠᠭᠤᠯᠬᠤ ᠶᠢᠨ ᠲᠦᠯᠦᠭᠡ᠂ ᠮᠠᠨ ᠤ ᠤᠷᠤᠨ ᠪᠦᠬᠦ ᠤᠷᠤᠨ ᠤ ᠡᠯ᠎ᠡ ᠱᠠᠲᠤᠨ ᠤ ᠡᠮᠨᠡᠯᠭᠡ ᠶᠢ ︽ᠢᠨᠲ᠋ᠧᠷ ᠰᠦᠯᠵᠢᠶ᠎ᠡ +︾᠎ ᠪᠠᠷ ᠠᠷᠭ᠎ᠠ ᠠᠪᠴᠠᠯ ᠪᠤᠯᠭᠠᠨ᠂ ᠤᠶᠤᠨᠲᠦ ᠡᠮᠨᠡᠯᠭᠡ ᠶᠢ ᠪᠦᠲᠦᠭᠡᠨ ᠪᠠᠶᠢᠭᠤᠯᠵᠦ᠂ 2018 ᠤᠨ ᠳᠤ ᠲᠤᠰ ᠱᠠᠲᠤᠨ ᠤ ᠭᠤᠷᠪᠠᠳᠤᠭᠠᠷ ᠬᠦᠭᠡ ᠲᠡᠰ ᠤᠨ ᠶᠡᠷᠦᠩᠬᠡᠶᠢᠯᠡᠭᠰᠡᠨ ᠡᠮᠨᠡᠯᠭᠡ ᠪᠦᠬᠦᠨ ᠳᠤ ᠰᠢᠯᠵᠢᠭᠡ ᠲᠤᠭᠠᠴᠠᠭ᠎ᠠ ᠬᠢᠬᠦ ᠲᠦᠭᠦᠮ ᠲᠦᠲᠡ ᠦᠢᠯᠡᠴᠢᠯᠡᠭᠡ ᠶᠢ ᠦᠷᠨᠢᠭᠦᠯᠬᠦ ᠬᠡᠷᠡᠭᠲᠡᠢ ᠬᠡᠰᠡᠨ ᠪᠠᠶᠢᠨ᠎ᠠ᠃ ᠪᠦᠬᠦ ᠤᠷᠤᠨ ᠤ ᠡᠮᠴᠢᠯᠡᠭᠡᠨ ᠤ ᠪᠠᠶᠢᠭᠤᠯᠤᠮᠵᠢ ᠡᠪᠡᠳᠴᠢᠲᠡᠨ ᠤ ᠡᠮᠴᠢᠯᠡᠭᠡᠨ ᠤ ᠦᠢᠯᠡᠴᠢᠯᠡᠭᠡ ᠶᠢᠨ ᠱᠠᠭᠠᠷᠲᠠᠯᠭ᠎ᠠ ᠶᠢᠨ ᠲᠤᠭᠤᠷᠢᠨ ᠳᠤ᠂ ᠢᠨᠲ᠋ᠧᠷ ᠰᠦᠯᠵᠢᠶ᠎ᠡ ᠶᠢᠨ ᠮᠡᠲᠡᠭᠡ ᠵᠠᠩᠬᠢ ᠶᠢᠨ ᠮᠡᠷᠭᠡᠵᠢᠯ ᠢ ᠬᠦᠢᠴᠡᠳ ᠠᠰᠢᠬᠯᠠᠨ ᠡᠮᠴᠢᠯᠡᠭᠡᠨ ᠤ ᠦᠢᠯᠡᠴᠢᠯᠡᠭᠡᠨ ᠤ ᠤᠷᠤᠨ ᠵᠠᠢ ᠪᠤᠯᠤᠨ ᠠᠭᠤᠯᠭ᠎ᠠ ᠶᠢ ᠦᠷᠭᠡᠳᠬᠡᠵᠦ᠂ ᠡᠮᠴᠢᠯᠡᠭᠡᠨ ᠤ ᠲᠦᠷᠦᠯ ᠵᠦᠢᠯ ᠲᠠᠢ ᠠᠳᠠᠯᠢᠪᠲᠦᠷ᠂ ᠲᠤᠬᠢᠷᠠᠮᠵᠢᠲᠠᠢ ᠡᠮᠴᠢᠯᠡᠭᠡᠨ ᠤ ᠦᠢᠯᠡᠴᠢᠯᠡᠭᠡ ᠶᠢ ᠢᠲᠡᠪᠬᠢᠲᠡᠢ ᠬᠠᠩᠭᠠᠨ᠎ᠠ᠃ ᠢᠨᠲ᠋ᠧᠷ ᠰᠦᠯᠵᠢᠶ᠎ᠡ ᠶᠢᠨ ᠮᠡᠷᠭᠡᠵᠢᠯ ᠢ ᠠᠰᠢᠬᠯᠠᠨ ᠡᠪᠡᠳᠴᠢᠲᠡᠨ ᠤ ᠡᠪᠡᠳᠴᠢᠨ ᠦᠵᠡᠭᠦᠯᠦᠭᠰᠡᠨ ᠲᠦᠷᠦᠭᠲᠡᠯ ᠢ ᠴᠠᠭ ᠲᠤᠬᠠᠢ ᠳᠤᠨᠢ ᠤᠢᠢᠯᠠᠭᠠᠵᠦ᠂ ᠡᠮᠴᠢᠯᠡᠭᠡᠨ ᠤ ᠦᠢᠯᠡᠴᠢᠯᠡᠭᠡᠨ ᠤ ᠠᠯᠬᠤᠮ ᠲᠠᠷᠠᠭᠠᠯᠠᠯ ᠢ ᠲᠠᠰᠤᠷᠠᠯᠲᠠ ᠦᠭᠡᠢ ᠰᠢᠯᠢᠲᠡᠭᠵᠢᠭᠦᠯᠵᠦ᠂ ᠰᠦᠯᠵᠢᠶ᠎ᠡ᠂ ᠤᠳᠠᠰᠤ᠂ ᠵᠢᠷᠬᠢᠶ᠎ᠡ ᠵᠡᠷᠭᠡ ᠶᠢᠨ ᠤᠯᠠᠨ ᠵᠦᠢᠯ ᠤᠨ ᠠᠷᠭ᠎ᠠ ᠵᠠᠮ ᠢᠶᠠᠷ᠂ ᠤᠷᠢᠳᠴᠢᠯᠡᠨ ᠨᠤᠮᠧᠷ ᠠᠪᠬᠤ᠂ ᠰᠢᠯᠵᠢᠭᠡ ᠲᠤᠭᠠᠴᠠᠭ᠎ᠠ ᠬᠢᠬᠦ᠂ ᠰᠦᠯᠵᠢᠶᠡᠨ ᠲᠡᠭᠡᠷ᠎ᠡ ᠲᠤᠭᠠᠴᠠᠭ᠎ᠠ ᠬᠢᠬᠦ᠂ ᠡᠪᠡᠳᠴᠢᠲᠡᠨ ᠤ ᠤᠷᠤ ᠶᠢᠨ ᠬᠠᠵᠠᠭᠤ ᠳᠤ ᠲᠠᠩᠰᠠ ᠪᠠᠨ ᠳ᠋ᠦ᠋ᠩᠨᠡᠨ ᠪᠤᠳᠤᠬᠤ᠂ ᠡᠪᠡᠳᠴᠢᠨ ᠦᠵᠡᠭᠦᠯᠬᠦ ᠳᠤ ᠰᠠᠨᠠᠭᠤᠯᠭ᠎ᠠ ᠦᠭᠬᠦ ᠂ ᠮᠡᠲᠡᠭᠡ ᠵᠠᠩᠬᠢ ᠬᠠᠩᠭᠠᠬᠤ᠂ ᠡᠮᠴᠢ ᠪᠤᠯᠤᠨ ᠡᠪᠡᠳᠴᠢᠲᠠᠨ ᠨᠡᠪᠲᠡᠷᠡᠯᠴᠡᠬᠦ᠂ ᠬᠠᠨᠤᠮᠵᠢ ᠶᠢᠨ ᠬᠡᠮᠵᠢᠶ᠎ᠡ ᠳᠤ ᠦᠨᠡᠯᠡᠯᠲᠡ ᠬᠢᠬᠦ ᠵᠢᠴᠢ ᠨᠤᠮᠧᠷ ᠤᠨ ᠢᠷᠡᠯᠲᠡ ᠶᠢᠨ ᠮᠡᠲᠡᠭᠡ ᠵᠠᠩᠬᠢ᠂ ᠪᠠᠶᠢᠴᠠᠭᠠᠯᠲᠠ ᠶᠢᠨ ᠳ᠋ᠦᠩ ᠢ ᠰᠢᠯᠭᠠᠬᠤ᠂ ᠡᠮᠴᠢᠯᠡᠭᠡᠨ ᠤ ᠰᠦᠢᠳᠬᠡᠯ᠂ ᠡᠪᠡᠳᠴᠢᠨ ᠢ ᠲᠤᠳᠤᠯᠠᠬᠤ ᠵᠡᠷᠭᠡ ᠶᠡᠷᠦᠩᠬᠡᠶᠢᠯᠡᠭᠰᠡᠨ ᠪᠠᠶᠢᠴᠠᠭᠠᠨ ᠯᠠᠪᠯᠠᠭ᠎ᠠ ᠬᠢᠬᠦ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡ ᠬᠠᠩᠭᠠᠵᠦ᠂ ᠡᠮᠴᠢᠯᠡᠭᠡᠨ ᠤ ᠦᠢᠯᠡᠴᠢᠯᠡᠭᠡ ᠶᠢ ᠨᠡᠩ ᠲᠤᠲᠤᠨᠤᠰᠤᠭ ᠪᠤᠯᠭᠠᠨ᠎ᠠ  ᠪᠡᠶ᠎ᠡ ᠳᠡᠭᠡᠨ ᠠᠪᠴᠤ ᠶᠠᠪᠤᠵᠦ ᠪᠤᠯᠬᠤ ᠲᠦᠭᠦᠭᠡᠷᠦᠮᠵᠢ ᠪᠠᠷ ᠲᠠᠮᠵᠢᠨ ᠡᠪᠡᠳᠴᠢᠲᠡᠨ ᠪᠤᠯᠤᠨ ᠭᠤᠤᠯᠲᠠᠯᠭ᠎ᠠ ᠲᠠᠢ ᠲᠠᠭᠠᠨ ᠰᠤᠷᠪᠤᠯᠵᠢᠯᠠᠬᠤ ᠡᠪᠡᠳᠴᠢᠲᠡᠨ ᠳᠤ ᠠᠯᠤᠰ ᠡᠵᠡᠮᠲᠡᠯ ᠤᠨ ᠬᠢᠨᠠᠨ ᠬᠡᠮᠵᠢᠯᠲᠡ ᠪᠤᠯᠤᠨ ᠠᠯᠤᠰ ᠡᠵᠡᠮᠲᠡᠯ ᠤᠨ ᠵᠢᠯᠤᠭᠤᠳᠤᠯᠭ᠎ᠠ ᠬᠠᠩᠭᠠᠵᠦ᠂ ᠰᠦᠯᠵᠢᠶᠡᠨ ᠲᠡᠭᠡᠷ᠎ᠡ᠂ ᠰᠦᠯᠵᠢᠶᠡᠨ ᠠᠴᠠ ᠭᠠᠲᠠᠨᠠᠬᠢ ᠡᠮᠴᠢᠯᠡᠭᠡᠨ ᠤ ᠦᠢᠯᠡᠴᠢᠯᠡᠭᠡ ᠶᠢ ᠪᠦᠲᠦᠮᠵᠢᠲᠡᠢ ᠵᠤᠯᠭᠠᠭᠤᠯᠬᠤ ᠪᠠᠷ ᠴᠢᠷᠮᠠᠶᠢᠨ ᠪᠡᠶᠡᠯᠡᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠨᠢ ᠡᠭᠦᠲᠡᠨ ᠡᠮᠨᠡᠯᠭᠡ ᠪᠤᠯᠤᠨ ᠡᠮᠨᠡᠯᠭᠡ ᠳᠤ ᠰᠠᠭᠤᠭ᠎ᠠ ᠡᠯᠧᠺᠳ᠋ᠷᠤᠨ ᠡᠪᠡᠳᠴᠢᠨ ᠤ ᠲᠡᠦᠬᠡ ᠪᠠᠷ ᠭᠤᠤᠯ ᠪᠤᠯᠭᠠᠬᠰᠠᠨ ᠶᠡᠷᠦᠩᠬᠡᠶᠢᠯᠡᠭᠰᠡᠨ ᠮᠡᠲᠡᠭᠡ ᠵᠠᠩᠬᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠲᠤᠮᠤ ᠳ᠋ᠠᠶᠢᠲ᠋ᠠ ᠶᠢᠨ ᠮᠡᠲᠡᠭᠡ ᠵᠠᠩᠬᠢ ᠶᠢᠨ ᠮᠡᠷᠭᠡᠵᠢᠯ ᠢ ᠠᠰᠢᠬᠯᠠᠨ ᠡᠮᠨᠡᠬᠦ ᠳᠤ ᠬᠠᠪᠰᠤᠷᠤᠮᠵᠢ ᠪᠤᠯᠬᠤ ᠰᠢᠢᠳᠪᠦᠷᠢᠲᠦ ᠪᠤᠳᠤᠯᠭ᠎ᠠ ᠲᠤᠬᠲᠠᠭᠠᠬᠤ᠂ ᠡᠮᠴᠢᠯᠡᠭᠡᠨ ᠤ ᠶᠠᠰᠤ ᠴᠢᠨᠠᠷ ᠢ ᠡᠵᠡᠮᠲᠡᠬᠦ᠂ ᠡᠮᠴᠢᠯᠡᠭᠡᠨ ᠤ ᠠᠵᠢᠯᠯᠠᠭ᠎ᠠ ᠶᠢ ᠲᠦᠷᠢᠮᠵᠢᠭᠦᠯᠬᠦ᠂ ᠵᠤᠬᠢᠰᠲᠠᠢ ᠪᠠᠷ ᠡᠮ ᠬᠡᠷᠡᠭᠯᠡᠵᠦ ᠪᠠᠶᠢᠬᠤ ᠶᠢ ᠦᠨᠡᠯᠡᠬᠦ᠂ ᠦᠢᠯᠡᠴᠢᠯᠡᠭᠡᠨ ᠤ ᠠᠯᠬᠤᠮ ᠲᠠᠷᠠᠭᠠᠯᠠᠯ ᠢ ᠰᠢᠯᠢᠲᠡᠭᠵᠢᠭᠦᠯᠬᠦ᠂ ᠡᠮᠴᠢᠯᠡᠭᠡᠨ ᠤ ᠡᠬᠢ ᠪᠠᠶᠠᠯᠢᠭ ᠲᠤ ᠲᠤᠬᠢᠷᠠᠭᠤᠯᠤᠯᠲᠠ ᠬᠢᠬᠦ ᠵᠡᠷᠭᠡ ᠳᠤ ᠲᠤᠯᠭᠠᠭᠤᠷᠢᠯᠠᠯ ᠬᠠᠩᠭᠠᠨ᠎ᠠ  ᠬᠡᠷᠡᠭᠯᠡᠭᠡᠨ ᠤ ᠬᠦᠮᠦᠨ ᠤ ᠪᠡᠶ᠎ᠡ ᠶᠢᠨ ᠵᠢᠷᠤᠭ᠂ ᠡᠪᠡᠳᠴᠢᠨ ᠤ ᠪᠠᠶᠢᠲᠠᠯ ᠢ ᠵᠢᠬᠰᠠᠭᠠᠬᠰᠠᠨ ᠬᠦᠰᠦᠨᠦᠭ ᠵᠡᠷᠭᠡ ᠤᠶᠤᠨᠲᠦ ᠡᠮᠴᠢᠯᠡᠭᠡᠨ ᠤ ᠵᠢᠯᠤᠭᠤᠳᠤᠬᠴᠢ ᠬᠤᠪᠢᠶᠠᠷᠢ ᠡᠮᠨᠡᠯᠭᠡ᠂ ᠤᠶᠤᠨᠲᠦ ᠠᠨᠠᠭᠠᠬᠤ ᠤᠬᠠᠭᠠᠨ ᠤ ᠲᠦᠷᠰᠦ ᠪᠠᠷ ᠢᠯᠭᠠᠨ ᠲᠠᠨᠢᠬᠤ᠂ ᠡᠪᠡᠳᠴᠢᠲᠠᠨ ᠤ ᠠᠮᠢ ᠨᠠᠰᠤᠨ ᠤ ᠪᠡᠶ᠎ᠡ ᠶᠢᠨ ᠪᠠᠶᠢᠲᠠᠯ ᠢ ᠲᠦᠪᠯᠡᠷᠡᠭᠦᠯᠦᠨ ᠬᠢᠨᠠᠨ ᠰᠢᠯᠭᠠᠬᠤ᠂ ᠡᠮᠴᠢᠯᠡᠭᠡᠨ ᠤ ᠲᠦᠭᠦᠭᠡᠷᠦᠮᠵᠢ ᠶᠢᠨ ᠲᠤᠭ᠎ᠠ ᠪᠠᠷᠢᠮᠲᠠ ᠶᠢ ᠠᠦ᠋ᠲ᠋ᠤᠴᠢᠯᠠᠨ ᠬᠤᠷᠠᠮᠳᠤᠭᠤᠯᠬᠤ᠂ ᠡᠯᠧᠺᠳ᠋ᠷᠤᠨ ᠠᠨᠠᠭᠠᠬᠤ ᠤᠬᠠᠭᠠᠨ ᠤ ᠮᠡᠲᠡᠯᠭᠡ ᠶᠢᠨ ᠬᠦᠮᠦᠷᠭᠡ ᠵᠡᠷᠭᠡ ᠰᠢᠨ᠎ᠡ ᠠᠷᠭ᠎ᠠ ᠠᠪᠴᠠᠯ ᠢᠶᠠᠷ ᠲᠠᠮᠵᠢᠨ᠂ ᠡᠮᠴᠢᠯᠡᠭᠡᠨ ᠤ ᠠᠰᠢᠬᠯᠠᠮᠵᠢ ᠶᠢ ᠲᠡᠭᠡᠭᠰᠢᠯᠡᠭᠦᠯᠦᠨ᠎ᠡ  ᠢᠨᠲ᠋ᠧᠷ ᠰᠦᠯᠵᠢᠶ᠎ᠡ᠂ ᠪᠠᠷᠠᠭᠠᠨ ᠤ ᠰᠦᠯᠵᠢᠶ᠎ᠡ ᠵᠡᠷᠭᠡ ᠰᠢᠨ᠎ᠡ ᠮᠡᠷᠭᠡᠵᠢᠯ ᠢ ᠢᠲᠡᠪᠬᠢᠲᠡᠢ ᠬᠡᠷᠡᠭᠯᠡᠨ᠂ ᠡᠮ ᠨᠠᠶᠢᠷᠠᠭᠤᠯᠬᠤ ᠡᠮ ᠦᠭᠬᠦ᠂ ᠲᠤᠳᠤᠭᠠᠲᠤᠬᠢ ᠪᠠᠷᠠᠭᠠᠨ ᠤ ᠬᠦᠢᠯᠭᠡᠭᠡ᠂ ᠠᠪᠤᠷᠠᠯᠲᠠ ᠶᠢᠨ ᠲᠡᠷᠭᠡ ᠶᠢᠨ ᠪᠠᠶᠢᠷᠢ ᠲᠤᠬᠲᠠᠭᠠᠯᠲᠠ᠂ ᠡᠪᠡᠳᠴᠢᠲᠡᠨ ᠤ ᠪᠠᠶᠢᠷᠢ ᠲᠤᠬᠲᠠᠭᠠᠯᠲᠠ ᠶᠢᠨ ᠮᠡᠲᠡᠭᠡ ᠵᠠᠩᠬᠢ ᠶᠢᠨ ᠠᠦ᠋ᠲ᠋ᠣ᠋ ᠰᠠᠨᠠᠭᠤᠯᠤᠮᠵᠢ ᠵᠡᠷᠭᠡ ᠮᠡᠲᠡᠭᠡ ᠵᠠᠩᠬᠢᠵᠢᠬᠰᠠᠨ᠂ ᠤᠶᠤᠨᠲᠦ ᠦᠢᠯᠡᠴᠢᠯᠡᠭᠡ ᠶᠢ ᠪᠡᠶᠡᠯᠡᠭᠦᠯᠬᠦ ᠪᠤᠯᠤᠨ᠎ᠠ᠃

i ᠭᠠᠶᠢᠯᠢ ᠶᠢᠨ ᠦᠢᠯᠡᠴᠢᠯᠡᠭᠡᠨ ᠤ ᠲᠠᠪᠴᠠᠩ  ᠦᠪᠦᠷ ᠮᠤᠩᠭᠤᠯ ᠤᠨ ᠤᠯᠤᠰ ᠤᠨ ᠭᠠᠶᠢᠯᠢ ᠶᠢᠨ ᠲᠤᠪᠴᠢᠶ᠎ᠠ ᠶᠢᠨ i ᠭᠠᠶᠢᠯᠢ ᠶᠢᠨ ᠦᠢᠯᠡᠴᠢᠯᠡᠭᠡᠨ ᠤ ᠲᠠᠪᠴᠠᠩ ᠤᠢᠢᠷ᠎ᠠ ᠳᠤ ᠠᠰᠢᠬᠯᠠᠯᠲᠠ ᠳᠤ ᠤᠷᠤᠵᠦ᠂ ᠭᠠᠶᠢᠯᠢ ᠲᠤᠰᠢᠶᠠᠬᠴᠢ ᠭᠠᠷ ᠤᠳᠠᠰᠤ ᠪᠤᠶᠤ ᠰᠢᠯᠵᠢᠭᠡ ᠲᠦᠭᠦᠭᠡᠷᠦᠮᠵᠢ ᠪᠠᠷ i ᠭᠠᠶᠢᠯᠢ ᠶᠢᠨ ᠦᠢᠯᠡᠴᠢᠯᠡᠭᠡᠨ ᠤ APP᠎ ᠶᠢ ᠪᠠᠭᠤᠯᠭᠠᠨ ᠤᠬᠰᠠᠷᠠᠪᠠᠯ᠂ ᠲᠠᠷᠤᠢ ᠮᠡᠲᠡᠭᠦᠯᠬᠦ᠂ ᠪᠠᠶᠢᠴᠠᠭᠠᠬᠤ᠂ ᠯᠠᠪᠯᠠᠬᠤ ᠪᠠ ᠰᠤᠷᠤᠯᠴᠠᠬᠤ ᠵᠡᠷᠭᠡ ᠭᠠᠶᠢᠯᠢ ᠳᠤ ᠬᠤᠯᠪᠤᠬᠲᠠᠬᠰᠠᠨ ᠵᠦᠢᠯᠡᠰ ᠢ ᠬᠦᠢᠴᠡᠳᠬᠡᠵᠦ ᠴᠢᠲᠠᠲᠠᠬ᠃    ᠦᠪᠦᠷ ᠮᠤᠩᠭᠤᠯ ᠤᠨ ᠤᠯᠤᠰ ᠤᠨ ᠭᠠᠶᠢᠯᠢ ᠶᠢᠨ ᠲᠤᠪᠴᠢᠶ᠎ᠠ ᠶᠢᠨ ᠬᠠᠮᠢᠶ᠎ᠠ ᠪᠦᠬᠦᠢ ᠠᠵᠢᠯᠲᠠᠨ ᠤ ᠲᠠᠨᠢᠯᠴᠠᠭᠤᠯᠤᠬᠰᠠᠨ ᠢᠶᠠᠷ᠂ i ᠭᠠᠶᠢᠯᠢ ᠶᠢᠨ ᠦᠢᠯᠡᠴᠢᠯᠡᠭᠡᠨ ᠤ ᠲᠠᠪᠴᠠᠩ ᠨᠢ ᠠᠯᠲᠠᠨ ᠭᠠᠶᠢᠯᠢ ᠭᠤᠷᠪᠠᠳᠤᠭᠠᠷ ᠬᠤᠭᠤᠴᠠᠭᠠᠨ ᠤ ᠭᠠᠶᠢᠯᠢ ᠬᠤᠷᠢᠶᠠᠬᠤ ᠬᠠᠮᠢᠶᠠᠷᠤᠯᠲᠠ ᠶᠢᠨ ᠰᠢᠰᠲ᠋ᠧᠮ ᠪᠤᠯᠤᠨ ᠦᠨᠡᠨ ᠨᠡᠷ᠎ᠡ ᠪᠠᠷ ᠬᠡᠷᠡᠴᠢᠯᠡᠭᠰᠡᠨ ᠲᠤᠭ᠎ᠠ ᠪᠠᠷᠢᠮᠲᠠ ᠪᠠᠷ ᠰᠠᠭᠤᠷᠢ ᠪᠤᠯᠭᠠᠵᠦ᠂ ᠢᠨᠲ᠋ᠧᠷ ᠰᠦᠯᠵᠢᠶ᠎ᠡ ᠶᠢᠨ ᠬᠤᠶᠠᠷ ᠦᠵᠦᠭᠦᠷ ᠢ ᠬᠤᠯᠪᠤᠬᠰᠠᠨ ᠬᠦᠬᠦᠷᠭᠡ ᠪᠠᠶᠢᠵᠦ᠂ ᠪᠠᠰᠠ ᠴᠤ ᠲᠡᠭᠡᠲᠦ ᠬᠡᠮᠵᠢᠶᠡᠨ ᠤ ᠬᠤᠷᠠᠮᠠᠯ ᠳ᠋ᠠᠶᠢᠲ᠋ᠠ ᠬᠦᠮᠦᠷᠭᠡ ᠪᠤᠯᠤᠨ᠎ᠠ᠂ ᠲᠡᠷᠡ ᠨᠢ ᠴᠠᠬᠢᠮ ᠮᠡᠲᠡᠭᠡ᠂ ᠵᠢᠷᠬᠢᠶ᠎ᠡ᠂ ᠰᠦᠯᠵᠢᠶᠡᠨ ᠲᠡᠭᠡᠷ᠎ᠡ ᠭᠠᠶᠢᠯᠢ ᠶᠢᠨ ᠶᠠᠪᠤᠲᠠᠯ ᠢ ᠬᠦᠢᠴᠡᠳᠬᠡᠬᠦ ᠦᠢᠯᠡᠴᠢᠯᠡᠭᠡᠨ ᠤ ᠲᠢᠩᠬᠢᠮ᠂ 12366 ᠭᠠᠶᠢᠯᠢ ᠲᠤᠰᠢᠶᠠᠬᠤ ᠦᠢᠯᠡᠴᠢᠯᠡᠭᠡᠨ ᠤ ᠬᠠᠯᠠᠮ ᠤᠳᠠᠰᠤ᠂ QQ ᠪᠤᠯᠤᠨ ᠢᠮᠧᠯ ᠵᠡᠷᠭᠡ ᠴᠢᠮᠡᠭᠡ ᠬᠤᠯᠪᠤᠭᠠᠨ ᠤ ᠠᠷᠭ᠎ᠠ ᠠᠪᠴᠠᠯ ᠢᠶᠠᠷ ᠨᠢᠭᠡ ᠲᠠᠪᠴᠠᠩ ᠪᠤᠯᠤᠨ ᠨᠢᠭᠡ ᠦᠵᠦᠭᠦᠷᠯᠢᠭ ᠲᠠᠢ ᠵᠤᠯᠭᠠᠭᠤᠯᠵᠦ᠂ ᠭᠠᠶᠢᠯᠢ ᠲᠤᠰᠢᠶᠠᠬᠴᠢ ᠶᠢᠨ ᠭᠠᠶᠢᠯᠢ ᠶᠢᠨ ᠶᠠᠪᠤᠲᠠᠯ ᠢ ᠬᠦᠢᠴᠡᠳᠬᠡᠬᠦ ᠳᠤ ᠨᠡᠪᠲᠡᠷᠡᠯᠴᠡᠬᠦ ᠠᠷᠭ᠎ᠠ ᠵᠠᠮ ᠲᠠᠷᠠᠬᠠᠢ᠂ ᠮᠡᠲᠡᠭᠡ ᠵᠠᠩᠬᠢ ᠰᠠᠯᠤᠩᠬᠢᠷᠠᠬᠰᠠᠨ ᠬᠦᠴᠢᠷ ᠠᠰᠠᠭᠤᠲᠠᠯ ᠢ ᠮᠠᠰᠢ ᠰᠠᠶᠢᠨ ᠰᠢᠢᠳᠪᠦᠷᠢᠯᠡᠭᠰᠡᠨ ᠪᠠᠶᠢᠨ᠎ᠡ᠃ i ᠭᠠᠶᠢᠯᠢ ᠶᠢᠨ ᠦᠢᠯᠡᠴᠢᠯᠡᠭᠡᠨ ᠤ ᠲᠠᠪᠴᠠᠩ ᠠᠰᠢᠬᠯᠠᠯᠲᠠ ᠳᠤ ᠤᠷᠤᠬᠰᠠᠨ ᠤ ᠲᠠᠷᠠᠭ᠎ᠠ᠂ ᠨᠢᠭᠡ ᠲᠠᠯ᠎ᠠ ᠪᠠᠷ ᠭᠠᠶᠢᠯᠢ ᠲᠤᠰᠢᠶᠠᠬᠴᠢ ᠲᠤᠰ ᠲᠠᠪᠴᠠᠩ ᠳᠤ ᠲᠠᠩᠰᠠᠯᠠᠭᠤᠯᠤᠨ ᠤᠷᠤᠪᠠᠯ ᠬᠠᠮᠢᠶ ᠎ᠠ ᠪᠦᠬᠦᠢ ᠲᠤᠭ᠎ᠠ ᠪᠠᠷᠢᠮᠲᠠ ᠨᠤᠭᠤᠳ ᠨᠢ ᠦᠪᠡᠰᠦᠪᠡᠨ ᠢᠯᠡᠷᠡᠵᠦ᠂ ᠪᠦᠯᠦᠭᠯᠡᠯ ᠨᠢ ᠤᠶᠤᠨᠳᠤ ᠪᠠᠷ ᠪᠠᠶᠢᠭᠤᠯᠤᠬᠲᠠᠵᠦ᠂ ᠲᠠᠬᠢᠨ ᠦᠪᠡᠷ ᠢᠶᠠᠨ ᠨᠡᠮᠡᠵᠦ ᠤᠷᠤᠭᠤᠯᠬᠤ ᠴᠢᠬᠤᠯᠠ ᠦᠭᠡᠢ ᠶᠤᠮ᠃ ︽ᠮᠢᠨᠦ ᠲᠠᠩᠰᠠᠨ ᠡᠷᠦᠭᠡ︾᠎ ᠳᠤ᠂ ᠭᠠᠶᠢᠯᠢ ᠲᠤᠰᠢᠶᠠᠬᠴᠢ ᠪᠠᠰᠠ ᠦᠪᠡᠷ ᠲᠠᠢ ᠨᠢ ᠬᠤᠯᠪᠤᠬᠲᠠᠬᠰᠠᠨ ᠪᠠ ᠦᠩᠭᠡᠷᠡᠭᠰᠡᠨ ᠳᠤ ᠬᠦᠢᠴᠡᠳᠬᠡᠭᠰᠡᠨ ᠵᠦᠢᠯᠡᠰ ᠵᠡᠷᠭᠡ 20 ᠲᠦᠷᠦᠯ ᠤᠨ ᠮᠡᠲᠡᠭᠡ ᠵᠠᠩᠬᠢ ᠪᠠᠨ ᠪᠠᠶᠢᠴᠠᠭᠠᠵᠦ ᠴᠢᠲᠠᠨ᠎ᠠ᠃ ᠨᠦᠭᠦᠭᠡ ᠲᠠᠯ᠎ᠠ ᠪᠠᠷ᠂ ᠲᠠᠪᠴᠠᠩ ᠨᠢ ᠶᠡᠭᠡ ᠬᠡᠮᠵᠢᠶᠡᠨ ᠤ ᠲᠤᠭ᠎ᠠ ᠪᠠᠷᠢᠮᠲᠠ ᠶᠢ ᠦᠪᠡᠰᠦᠪᠡᠨ ᠰᠤᠷᠤᠯᠴᠠᠵᠦ ᠴᠢᠲᠠᠬᠤ ᠤᠶᠤᠨᠲᠦ ᠮᠠᠰᠢᠨ ᠬᠦᠮᠦᠨ ᠳᠤ ᠲᠠᠮᠵᠢᠭᠤᠯᠵᠦ᠂ ᠬᠡᠷᠡᠭᠯᠡᠭᠴᠢ ᠯᠠᠪᠯᠠᠬᠤ ᠬᠡᠵᠦ ᠪᠠᠶᠢᠭ᠎ᠠ ᠠᠰᠠᠭᠤᠯᠲᠠ ᠪᠤᠶᠤ ᠵᠠᠩᠬᠢᠯᠠᠭ᠎ᠠ ᠶᠢᠨ ᠦᠭᠡ ᠶᠢ ᠪᠢᠴᠢᠪᠡᠯ᠂ ᠮᠠᠰᠢᠨ ᠬᠦᠮᠦᠨ ᠳᠠᠷᠡ ᠳᠠᠷᠦ᠋ᠢᠬᠠᠨ ᠠᠦ᠋ᠲ᠋ᠤᠴᠢᠯᠠᠨ ᠬᠠᠷᠢᠭᠤᠯᠲᠠ ᠦᠭᠬᠦ ᠶᠢ ᠪᠡᠶᠡᠯᠡᠭᠦᠯᠵᠡᠢ  i ᠭᠠᠶᠢᠯᠢ ᠶᠢᠨ ᠦᠢᠯᠡᠴᠢᠯᠡᠭᠡᠨ ᠤ ᠲᠠᠪᠴᠠᠩ ᠨᠢ ᠠᠯᠤᠰ ᠡᠵᠡᠮᠲᠡᠯ ᠤᠨ ᠮᠡᠲᠡᠭᠡ ᠵᠠᠩᠬᠢ ᠶᠢ ᠬᠤᠷᠠᠮᠳᠤᠭᠤᠯᠬᠤ ᠴᠢᠲᠠᠪᠬᠢ ᠶᠢ ᠨᠡᠪᠲᠡᠷᠡᠭᠦᠯᠵᠦ᠂ ᠭᠠᠶᠢᠯᠢ ᠲᠤᠰᠢᠶᠠᠬᠴᠢ ᠶᠠᠮᠠᠷ ᠨᠢᠭᠡᠨ ᠤᠴᠢᠷ ᠢᠶᠠᠷ ᠭᠠᠲᠠᠬᠰᠢ ᠭᠠᠷᠴᠤ᠂ ᠭᠠᠶᠢᠯᠢ ᠲᠤᠰᠢᠶᠠᠬᠤ ᠲᠤᠬᠠᠢ ᠶᠢᠨ ᠭᠠᠵᠠᠷ ᠲᠠᠭᠠᠨ ᠴᠠᠬ ᠲᠤᠬᠠᠢ ᠳᠤᠨᠢ ᠪᠤᠴᠠᠵᠦ ᠦᠨᠡᠨ ᠨᠡᠷ᠎ᠡ ᠪᠠᠷ ᠬᠡᠷᠡᠴᠢᠯᠡᠬᠦ ᠮᠡᠲᠡᠭᠡ ᠵᠠᠩᠬᠢ ᠶᠢ ᠬᠤᠷᠠᠮᠳᠤᠭᠤᠯᠵᠦ ᠴᠢᠲᠠᠬᠤ ᠦᠭᠡᠢ ᠦᠶ᠎ᠡ ᠳᠤ᠂ ᠭᠠᠷ ᠤᠳᠠᠰᠤᠨ ᠤ ᠰᠡᠭᠦᠲᠡᠷᠯᠡᠬᠦ ᠮᠠᠰᠢᠨ ᠤ ᠬᠦᠲᠦᠭᠦᠷ ᠰᠢᠯ ᠦᠭᠡᠲᠡ ᠬᠠᠷᠠᠵᠦ ᠨᠢᠭᠤᠷ ᠢᠶᠠᠨ ᠰᠢᠷᠪᠢᠵᠦ᠂ ᠲᠠᠬᠢᠨ ᠭᠠᠷ ᠤᠳᠠᠰᠤ ᠪᠠᠷ ᠢᠶᠠᠨ ᠪᠡᠶ᠎ᠡ ᠶᠢᠨ ᠦᠨᠡᠮᠯᠡᠯ ᠢᠶᠠᠨ ᠰᠢᠷᠪᠢᠬᠦ ᠳᠤ ᠬᠦᠷᠪᠡᠯ ᠲᠠᠷᠤᠢ ᠦᠨᠡᠨ ᠨᠡᠷ᠎ᠡ ᠪᠠᠷ ᠬᠡᠷᠡᠴᠢᠯᠡᠬᠦ ᠠᠰᠠᠭᠤᠲᠠᠯ ᠢ ᠬᠦᠢᠴᠡᠳᠬᠡᠴᠢᠭᠡᠨ᠎ᠡ  i ᠭᠠᠶᠢᠯᠢ ᠶᠢᠨ ᠦᠢᠯᠡᠴᠢᠯᠡᠭᠡᠨ ᠤ ᠲᠠᠪᠴᠠᠩ ᠨᠢ ᠪᠠᠰᠠ ᠭᠠᠶᠢᠯᠢ ᠶᠢᠨ ᠶᠠᠪᠤᠲᠠᠯ ᠢ ᠬᠦᠢᠴᠡᠳᠬᠡᠬᠦ ᠰᠠᠨᠠᠭᠤᠯᠤᠮᠵᠢ ᠶᠢᠨ ᠴᠢᠲᠠᠪᠬᠢ ᠶᠢ ᠲᠤᠬᠢᠷᠠᠭᠤᠯᠵᠦ᠂ ᠭᠠᠶᠢᠯᠢ ᠲᠤᠰᠢᠶᠠᠬᠴᠢ ᠭᠠᠷ ᠤᠳᠠᠰᠤᠨ ᠲᠡᠭᠡᠷ᠎ᠡ ᠪᠠᠨ ᠲᠡᠩᠰᠠᠯᠠᠬᠤ᠂ ᠮᠠᠭᠠᠳᠯᠠᠨ ᠲᠤᠬᠲᠠᠭᠠᠬᠤ᠂ ᠪᠠᠷᠢᠮᠲᠠ ᠪᠤᠯᠤᠨ ᠮᠡᠲᠡᠭᠦᠯᠬᠦ ᠵᠡᠷᠭᠡ ᠭᠠᠶᠢᠯᠢ ᠶᠢᠨ ᠶᠠᠪᠤᠲᠠᠯ ᠤᠳ ᠢ ᠪᠦᠬᠦᠨ ᠢ ᠤᠷᠢᠳᠴᠢᠯᠠᠨ ︽ᠰᠡᠷᠢᠭᠦᠯᠭᠡᠲᠦ ᠴᠠᠬ︾ ᠲᠤᠬᠢᠷᠠᠭᠤᠯᠵᠦ ᠪᠤᠯᠲᠠᠭ᠂ ᠡᠨᠡ ᠨᠢ ᠭᠠᠶᠢᠯᠢ ᠶᠢᠨ ᠬᠠᠤᠯᠢ ᠲᠤᠬᠲᠠᠭᠠᠯ ᠪᠤᠯᠤᠨ ᠭᠠᠶᠢᠯᠢ ᠶᠢᠨ ᠶᠠᠪᠤᠲᠠᠯ ᠢ ᠬᠦᠢᠴᠡᠳᠬᠡᠬᠦ ᠶᠠᠪᠤᠴᠠ ᠶᠢ ᠤᠢᠢᠯᠠᠭᠠᠬᠤ ᠦᠭᠡᠢ ᠠᠴᠠ ᠪᠤᠯᠵᠦ ᠭᠠᠶᠢᠯᠢ ᠲᠤᠰᠢᠶᠠᠬᠤ ᠢᠲᠡᠭᠡᠮᠵᠢ ᠪᠠᠨ ᠨᠦᠯᠦᠭᠡᠯᠡᠬᠦ ᠠᠴᠠ ᠵᠠᠶᠢᠯᠠᠰᠬᠢᠵᠦ ᠴᠢᠲᠠᠨ᠎ᠠ  ᠡᠭᠦᠨ ᠠᠴᠠ ᠭᠠᠲᠠᠨ᠎ᠠ᠂ i ᠭᠠᠶᠢᠯᠢ ᠶᠢᠨ ᠦᠢᠯᠡᠴᠢᠯᠡᠭᠡᠨ ᠤ ᠲᠠᠪᠴᠠᠩ ᠨᠢ ᠪᠠᠰᠠ ᠪᠠᠷᠢᠮᠲᠠ ᠶᠢ ᠤᠷᠤᠯᠠᠨ ᠦᠭᠬᠦ ᠪᠠᠷ ᠡᠷᠡᠮᠡᠯᠵᠡᠯᠡᠬᠦ᠂ ᠭᠠᠶᠢᠯᠢ ᠲᠤᠰᠢᠶᠠᠬᠴᠢ ᠶᠢᠨ ᠰᠤᠷᠤᠯᠴᠠᠯᠭ᠎ᠠ ᠶᠢᠨ ᠲᠠᠩᠬᠢᠮ ᠤᠨ ᠰᠢᠭᠤᠳ ᠨᠡᠪᠲᠡᠷᠡᠭᠦᠯᠭᠡ ᠵᠡᠷᠭᠡ ᠦᠪᠡᠷᠮᠢᠴᠡ ᠤᠨᠴᠠᠯᠢᠬ ᠲᠠᠢ ᠦᠢᠯᠡᠴᠢᠯᠡᠭᠡ ᠬᠠᠩᠭᠠᠵᠦ᠂ ᠭᠠᠶᠢᠯᠢ ᠲᠤᠰᠢᠶᠠᠬᠴᠢ ᠶᠢᠨ ᠦᠪᠡᠷᠮᠢᠴᠡ ᠤᠨᠴᠠᠯᠢᠬ ᠲᠠᠢ᠂ ᠤᠯᠠᠨ ᠶᠠᠩᠵᠤ ᠶᠢᠨ ᠬᠡᠷᠡᠭᠴᠡᠭᠡ ᠶᠢ ᠬᠠᠩᠭᠠᠵᠦ ᠴᠢᠲᠠᠨ᠎ᠠ᠃

ᠤᠶᠤᠨᠲᠦ ᠬᠢᠯᠢ ᠶᠢᠨ ᠪᠤᠭᠤᠮᠲᠠ  4 ᠰᠠᠷ᠎ᠠ ᠶᠢᠨ 26᠎ ᠤ ᠡᠲᠦᠷ᠂ ᠭᠠᠭᠴᠠᠮᠤᠲᠦ ᠬᠢᠯᠢ ᠶᠢᠨ ᠪᠤᠭᠤᠮᠲᠠ ᠶᠢᠨ ᠬᠢᠯᠢ ᠪᠠᠷ ᠤᠷᠤᠬᠤ ᠨᠡᠭᠦᠷᠡᠰᠦ ᠶᠢ ᠪᠠᠶᠢᠴᠠᠭᠠᠬᠤ ᠲᠠᠯᠠᠪᠤᠷ ᠲᠤ ᠮᠠᠰᠢᠨ ᠲᠡᠷᠭᠡ ᠬᠤᠶᠢᠨ᠎ᠠ ᠬᠤᠶᠢᠨ᠎ᠠ ᠠᠴᠠ ᠪᠠᠨ ᠵᠠᠯᠭᠠᠯᠲᠤᠵᠦ᠂ ᠲᠤᠩ ᠴᠤ ᠶᠠᠭᠠᠷᠠᠯᠲᠠᠢ ᠪᠠᠶᠢᠯ᠎ᠠ ᠁ ᠦᠩᠭᠡᠷᠡᠭᠰᠨᠨ ᠲᠠᠢ ᠠᠳᠠᠯᠢ ᠦᠭᠡᠢ ᠨᠢ ᠬᠢᠯᠢ ᠶᠢᠨ ᠪᠤᠭᠤᠮᠲᠠ ᠶᠢᠨ ᠪᠠᠶᠢᠴᠠᠭᠠᠬᠤ ᠠᠵᠢᠯᠲᠠᠨ ᠤ ᠭᠠᠷ ᠲᠤ ᠨᠢᠭᠡᠨ ᠰᠢᠯᠵᠢᠭᠡ ᠪᠠᠶᠢᠴᠠᠭᠠᠨ ᠰᠢᠯᠭᠠᠬᠤ ᠺᠤᠮᠫᠢᠦ᠋ᠲ᠋ᠧᠷ ᠨᠡᠮᠡᠭᠲᠡᠵᠡᠢ᠃ ᠡᠨᠡᠬᠦ ᠵᠢᠵᠢᠭ ᠲᠦᠭᠦᠭᠡᠷᠦᠮᠵᠢ ᠪᠠᠷ 15 ᠮᠢᠨᠦ᠋ᠲ ᠲᠤ ᠬᠢᠯᠢ ᠪᠠᠷ ᠤᠷᠤᠬᠤ 37 ᠲᠡᠷᠭᠡᠨ ᠤ ᠨᠡᠭᠦᠷᠡᠰᠦ ᠶᠢ ᠰᠡᠭᠦᠲᠡᠷᠯᠡᠬᠦ᠂ ᠪᠠᠷᠢᠮᠲᠠ ᠶᠢ ᠪᠠᠶᠢᠴᠠᠭᠠᠬᠤ᠂ ᠰᠦᠯᠵᠢᠶᠡᠨ ᠲᠡᠭᠡᠷ᠎ᠡ ᠪᠠᠶᠢᠴᠠᠭᠠᠨ ᠰᠢᠯᠭᠠᠬᠰᠠᠨ ᠦᠷ᠎ᠡ ᠳ᠋ᠦ᠋ᠩ ᠢ ᠲᠡᠪᠰᠢᠭᠦᠯᠬᠦ ᠵᠡᠷᠭᠡ ᠪᠠᠶᠢᠴᠠᠭᠠᠨ ᠰᠢᠯᠭᠠᠬᠤ ᠠᠵᠢᠯ ᠢ ᠮᠠᠰᠢ ᠲᠦᠷᠬᠡᠨ ᠬᠦᠢᠴᠡᠳᠬᠡᠭᠰᠡᠨ ᠪᠠᠶᠢᠨ᠎ᠠ᠃ ᠲᠤᠬᠠᠢ ᠶᠢᠨ ᠡᠲᠦᠷ ᠡᠷᠢᠶᠡᠨ ᠬᠤᠲᠠ ᠶᠢᠨ ᠵᠠᠰᠠᠮᠠᠯ ᠵᠠᠮ ᠤᠨ ᠬᠢᠯᠢ ᠶᠢᠨ ᠪᠤᠭᠤᠮᠲᠠ ᠶᠢᠨ ᠪᠠᠶᠢᠴᠠᠭᠠᠯᠲᠠ ᠬᠢᠬᠦ ᠨᠡᠪᠲᠡᠷᠡᠬᠦ ᠵᠠᠮ ᠳᠤ᠂ ᠪᠤᠭᠤᠮᠲᠠ ᠶᠢᠨ ᠠᠵᠢᠯᠲᠠᠨ ᠬᠢᠯᠢ ᠪᠠᠷ ᠤᠷᠤᠵᠦ ᠢᠷᠡᠭᠰᠡᠨ ᠨᠢᠭᠡᠨ ᠮᠠᠰᠢᠨ ᠲᠡᠷᠭᠡᠨ ᠳᠤ PVS450 ᠪᠠᠶᠢᠴᠠᠭᠠᠯᠲᠠ ᠶᠢᠨ ᠲᠦᠭᠦᠭᠡᠷᠦᠮᠵᠢ ᠪᠠᠷ ᠪᠠᠶᠢᠴᠠᠭᠠᠯᠲᠠ ᠬᠢᠵᠦ᠂ ᠬᠡᠲᠦᠬᠡᠨ ᠮᠢᠨᠦ᠋ᠲ ᠲᠤ ᠮᠠᠰᠢᠨ ᠲᠡᠷᠭᠡ ᠶᠢᠨ ︽ᠬᠠᠷᠠᠯᠴᠠᠯ ᠵᠢᠷᠤᠭ︾᠎ ᠨᠢ 400 ᠺᠢᠯᠤᠮᠧᠲᠷ ᠤᠨ ᠭᠠᠲᠠᠨᠠᠬᠢ ᠬᠦᠬᠡᠬᠤᠲᠠ ᠪᠤᠭᠤᠮᠲᠠ ᠶᠢᠨ ᠲᠦᠪᠯᠡᠷᠡᠭᠦᠯᠦᠨ ᠵᠢᠷᠤᠭ ᠢ ᠬᠢᠨᠠᠨ ᠪᠠᠶᠢᠴᠠᠭᠠᠬᠤ ᠲᠦᠪ ᠤᠨ ᠺᠤᠮᠫᠢᠦ᠋ᠲ᠋ᠧᠷ ᠤᠨ ᠲᠡᠯᠭᠡᠴᠡᠨ ᠳᠤ ᠢᠯᠡᠷᠡᠵᠦ᠂ ᠵᠢᠷᠤᠭ ᠢ ᠬᠢᠨᠠᠨ ᠪᠠᠶᠢᠴᠠᠭᠠᠬᠤ ᠲᠦᠪ ᠤᠨ ᠠᠵᠢᠯᠲᠠᠨ ᠵᠢᠷᠤᠭ ᠢ ᠬᠢᠨᠠᠬᠰᠠᠨ ᠦᠷ᠎ᠡ ᠳ᠋ᠦ᠋ᠩ ᠢ ᠦᠨᠳᠦᠰᠦᠯᠡᠨ ᠮᠠᠰᠢᠨ ᠲᠡᠷᠭᠡ ᠶᠢ ᠨᠡᠪᠲᠡᠷᠡᠭᠦᠯᠬᠦ ᠳᠤᠬᠢᠶ᠎ᠠ ᠦᠭᠴᠡᠢ᠃ ᠬᠦᠬᠡᠬᠤᠲᠠ ᠬᠢᠯᠢ ᠶᠢᠨ ᠪᠤᠭᠤᠮᠲᠠ ᠶᠢᠨ ᠭᠠᠭᠴᠠ ᠬᠦᠮᠦᠨ ᠤ ᠪᠠᠶᠢᠴᠠᠭᠠᠨ ᠰᠢᠯᠭᠠᠬᠤ ᠠᠵᠢᠯᠯᠠᠬᠤ ᠰᠢᠰᠲ᠋ᠧᠮ ᠢ ᠡᠨᠡ ᠵᠢᠯ ᠤᠨ 3 ᠰᠠᠷ᠎ᠠ ᠠᠴᠠ ᠡᠬᠢᠯᠡᠨ ᠬᠦᠬᠡᠬᠤᠲᠠ ᠬᠢᠯᠢ ᠶᠢᠨ ᠪᠤᠭᠤᠮᠲᠠ ᠶᠢᠨ ᠬᠠᠷᠢᠶᠠᠨ ᠳᠤ ᠲᠡᠯᠭᠡᠷᠡᠭᠦᠯᠦᠨ ᠬᠡᠷᠡᠭᠵᠢᠭᠦᠯᠵᠦ᠂ ᠡᠷᠢᠶᠡᠨ ᠬᠤᠲᠠ᠂ ᠭᠠᠭᠴᠠᠮᠤᠲᠦ᠂ ᠴᠡᠭᠡ ᠵᠡᠷᠭᠡ ᠪᠤᠭᠤᠮᠲᠠ ᠶᠢ ᠪᠠᠭᠲᠠᠭᠠᠬᠰᠠᠨ 10 ᠬᠢᠯᠢ ᠶᠢᠨ ᠪᠤᠭᠤᠮᠲᠠ ᠶᠢᠨ ᠲᠤᠬᠠᠢ ᠶᠢᠨ ᠲᠠᠯᠠᠪᠠᠢ ᠳᠤ ᠪᠠᠷᠠᠭᠠᠨ ᠳᠤ ᠰᠢᠯᠵᠢᠭᠡ ᠪᠠᠶᠢᠴᠠᠭᠠᠨ ᠰᠢᠯᠭᠠᠯᠲᠠ ᠬᠢᠬᠦ ᠶᠢ ᠪᠡᠶᠡᠯᠡᠭᠦᠯᠵᠡᠢ᠃ ᠲᠤᠰ ᠰᠢᠰᠲ᠋ᠧᠮ ᠠᠰᠢᠬᠯᠠᠯᠲᠠ ᠳᠤ ᠤᠷᠤᠬᠰᠠᠨ ᠨᠢ᠂ ᠮᠠᠰᠢᠨ ᠲᠡᠷᠭᠡ ᠵᠢᠴᠢ ᠪᠠᠷᠠᠭ᠎ᠠ ᠲᠠᠸᠠᠷ ᠢ ᠬᠢᠯᠢ ᠶᠢᠨ ᠪᠤᠭᠤᠮᠲᠠ ᠳᠤ ᠪᠠᠶᠢᠴᠠᠭᠠᠨ ᠰᠢᠯᠭᠠᠬᠤ ᠴᠠᠬ ᠢ ᠶᠡᠬᠡᠪᠡᠷ ᠪᠤᠭᠤᠨᠢᠰᠬᠠᠵᠦ᠂ ᠪᠤᠭᠤᠮᠲᠠ ᠪᠠᠷ ᠨᠡᠪᠲᠡᠷᠡᠬᠦ ᠠᠰᠢᠬᠯᠠᠮᠵᠢ ᠶᠢ ᠲᠡᠭᠡᠭᠰᠢᠯᠡᠭᠦᠯᠬᠦ ᠶᠢ ᠪᠦᠲᠦᠮᠵᠢᠲᠡᠢ ᠠᠬᠢᠭᠤᠯᠤᠬᠰᠠᠨ ᠪᠠᠶᠢᠨ᠎ᠠ᠃ ᠬᠦᠬᠡᠬᠤᠲᠠ ᠬᠢᠯᠢ ᠶᠢᠨ ᠪᠤᠭᠤᠮᠲᠠ ᠪᠡᠶ᠎ᠡ ᠪᠠᠨ ᠲᠠᠭᠠᠭᠠᠵᠦ ᠡᠭᠦᠲᠦᠨ ᠨᠡᠭᠡᠭᠡᠭᠰᠡᠨ ᠲᠤᠭ᠎ᠠ ᠪᠠᠷᠢᠮᠲᠠ ᠶᠢ ᠬᠢᠨᠠᠨ ᠡᠵᠡᠮᠲᠡᠵᠦ ᠵᠠᠲᠠᠯᠬᠤ ᠵᠡᠷᠭᠡ ᠰᠢᠰᠲ᠋ᠧᠮ ᠳᠡᠭᠡᠨ ᠲᠦᠰᠢᠭᠯᠡᠨ᠂ ᠵᠢᠷᠤᠭ ᠢ ᠬᠢᠨᠠᠬᠤ ᠳᠤ ︽ᠲᠠᠰᠢᠷᠠᠮ ᠤᠨ ᠠᠵᠢᠯ ᠤᠨ ᠪᠠᠶᠢᠷᠢ ᠳᠤ ᠲᠤᠮᠢᠯᠠᠬᠤ᠂ ᠲᠠᠰᠢᠷᠠᠮ ᠤᠨ ᠲᠠᠬᠢᠨ ᠬᠢᠨᠠᠬᠤ︾ ᠪᠠ ᠲᠤᠭ᠎ᠠ ᠪᠠᠷᠢᠮᠲᠠ ᠶᠢ ︽ᠠᠦ᠋ᠲ᠋ᠤᠴᠢᠯᠠᠨ ᠪᠠᠶᠢᠴᠠᠭᠠᠬᠤ᠂ ᠠᠦ᠋ᠲ᠋ᠤᠴᠢᠯᠠᠨ ᠪᠦᠷᠢᠳᠬᠡᠬᠦ᠂ ᠠᠦ᠋ᠲ᠋ᠤᠴᠢᠯᠠᠨ ᠵᠠᠳᠠᠯᠬᠤ︾᠎ ᠶᠢ ᠪᠡᠶᠡᠯᠡᠭᠦᠯᠵᠦ᠂ ᠵᠢᠷᠤᠭ ᠲᠦᠷᠰᠦ ᠶᠢ ᠬᠢᠨᠠᠬᠤ ᠴᠠᠬ ᠢ ᠪᠤᠭᠤᠨᠢᠰᠬᠠᠭᠠᠳ 80 ᠰᠧᠺᠦ᠋ᠨ᠋ᠳ᠋ ᠤᠷᠴᠢᠮ ᠪᠤᠯᠭᠠᠵᠠᠢ᠃ ᠰᠢᠨᠵᠢᠯᠡᠬᠦ ᠤᠬᠠᠭᠠᠨ ᠮᠡᠷᠭᠡᠵᠢᠯ ᠤᠨ ᠨᠢᠰᠬᠦ ᠮᠡᠲᠦ ᠲᠦᠷᠬᠡᠨ ᠬᠦᠭᠵᠢᠯᠲᠡ ᠶᠢ ᠲᠠᠭᠠᠯᠲᠤᠨ᠂ ᠢᠨᠲ᠋ᠧᠷ ᠰᠦᠯᠵᠢᠶ᠎ᠡ᠂ ᠪᠠᠷᠠᠭᠠᠨ ᠤ ᠰᠦᠯᠵᠢᠶ᠎ᠡ᠂ ᠡᠭᠦᠯᠡᠨ ᠪᠤᠳᠤᠯᠲᠠ᠂ ᠲᠤᠮᠤ ᠳ᠋ᠠᠶᠢᠲ᠋ᠠ ᠵᠡᠷᠭᠡ ᠰᠢᠨ᠎ᠡ ᠮᠡᠷᠭᠡᠵᠢᠯ ᠠᠯᠭᠤᠷ ᠢᠶᠠᠷ ᠬᠢᠯᠢ ᠶᠢᠨ ᠪᠤᠭᠤᠮᠲᠠ ᠶᠢᠨ ᠦᠭᠡᠷᠡᠴᠢᠯᠡᠯᠲᠡ ᠳᠤ ᠬᠡᠷᠡᠭᠯᠡᠭᠲᠡᠵᠡᠢ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠢᠨᠠᠨ ᠬᠠᠮᠢᠶᠠᠷᠬᠤ᠂ ᠤᠶᠤᠨᠲᠦ ᠬᠢᠯᠢ ᠶᠢᠨ ᠪᠤᠭᠤᠮᠲᠠ ᠶᠢᠨ ᠪᠦᠲᠦᠭᠡᠨ ᠪᠠᠶᠢᠭᠤᠯᠤᠯᠲᠠ᠂ ᠤᠶᠤᠨᠲᠦ ᠪᠤᠭᠤᠮᠲᠠ ᠪᠠᠷ ᠦᠩᠭᠡᠷᠡᠬᠦ ᠨᠢ ᠠᠵᠦ ᠠᠬᠤᠢᠢᠯᠠᠯ ᠳᠤ ᠲᠦᠭᠦᠮ ᠲᠦᠲᠡ ᠦᠢᠯᠡᠴᠢᠯᠡᠭᠡ ᠬᠠᠩᠭᠠᠬᠰᠠᠨ ᠤ ᠬᠠᠮᠲᠦ ᠪᠠᠰᠠ ᠦᠪᠡᠷᠲᠡᠭᠡᠨ ᠵᠠᠰᠠᠬᠤ ᠤᠷᠤᠨ ᠤ ᠬᠢᠯᠢ ᠶᠢᠨ ᠪᠤᠭᠤᠮᠲᠠ ᠪᠠᠷ ᠦᠩᠭᠡᠷᠡᠬᠦ ᠠᠰᠢᠬᠯᠠᠮᠵᠢ ᠶᠢ ᠴᠢᠨᠠᠬᠰᠢᠲᠠ ᠲᠡᠭᠡᠭᠰᠢᠯᠡᠭᠦᠯᠦᠭᠰᠡᠨ ᠪᠠ ᠭᠠᠲᠠᠭᠠᠲᠦ ᠠᠷᠠᠯᠵᠢᠶᠠᠨ ᠤ ᠶᠡᠭᠡ ᠬᠦᠭᠵᠢᠯᠲᠡ ᠶᠢ ᠠᠬᠢᠭᠤᠯᠬᠤ ᠳᠤ ᠢᠲᠡᠪᠬᠢᠲᠡᠢ ᠦᠢᠯᠡᠲᠦᠯ ᠦᠵᠡᠭᠦᠯᠵᠡᠢ᠃

ᠠᠩᠬᠠᠷᠤᠭᠤᠰᠢᠲᠠᠢ ᠨᠢ᠂ ᠦᠪᠡᠷᠲᠡᠭᠡᠨ ᠵᠠᠰᠬᠠᠤ ᠤᠷᠤᠨ ᠤ ︽ᠪᠦᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠪᠠᠶᠢᠷᠢᠯᠠᠭᠤᠯᠤᠯᠲᠠ ᠶᠢ ᠪᠦᠷᠢᠯᠲᠦᠭᠦᠯᠬᠦ ᠶᠢ ᠠᠬᠢᠭᠤᠯᠬᠤ︾ ᠱᠠᠭᠠᠷᠲᠠᠯᠭ᠎ᠠ ᠶᠢ ᠨᠠᠶᠢᠲᠠᠪᠤᠷᠢᠵᠢᠭᠤᠯᠬᠤ ᠶᠢᠨ ᠲᠦᠯᠦᠭᠡ᠂ ᠬᠦᠬᠡᠬᠤᠲᠠ ᠬᠢᠯᠢ ᠶᠢᠨ ᠪᠤᠭᠤᠮᠲᠠ ᠤᠶᠤᠨᠲᠦ ᠬᠢᠯᠢ ᠶᠢᠨ ᠪᠤᠭᠤᠮᠲᠠ ᠶᠢᠨ ᠲᠡᠰ ᠲᠡᠪᠰᠢᠭᠦᠯᠦᠭᠰᠡᠨ ᠬᠡᠪᠯᠡᠯ ᠢ ᠪᠠᠶᠢᠭᠤᠯᠵᠦ ᠪᠠᠶᠢᠨ᠎ᠠ᠃ ᠡᠨᠡ ᠵᠢᠯ ᠠᠴᠠ ᠨᠠᠰᠢ᠂ ᠬᠠᠷᠢᠶ᠎ᠠ ᠤᠷᠤᠨ ᠳᠠᠬᠢ ᠬᠢᠯᠢ ᠶᠢᠨ ᠪᠤᠭᠤᠮᠲᠠ ᠶᠢᠨ ᠤᠶᠤᠨᠲᠦ ᠪᠤᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠲᠠᠰᠤᠷᠠᠯᠲᠠ ᠦᠭᠡᠢ ᠲᠦᠷᠬᠡᠳᠴᠤ᠂ ᠤᠶᠤᠨᠲᠦ ᠪᠤᠭᠤᠮᠲᠠ ᠪᠠᠶᠢᠭᠤᠯᠤᠬᠲᠠᠬᠰᠠᠨ ᠤ ᠲᠠᠷᠠᠭ᠎ᠠ᠂ ᠡᠯᠧᠺᠲᠷᠤᠨ ᠲᠡᠷᠭᠡᠨ ᠤ ᠫᠠᠶᠢᠰᠠ᠂ ᠴᠢᠩᠭᠡᠯᠢᠭ ᠤᠨ ᠨᠤᠮᠧᠷ᠂ ᠮᠠᠰᠢᠨ ᠲᠡᠷᠭᠡᠨ ᠤ ᠲᠠᠭᠠᠭᠠᠴᠠ ᠵᠡᠷᠭᠡ ᠬᠢᠨᠠᠨ ᠬᠠᠮᠢᠶᠠᠷᠬᠤ ᠲᠤᠭ᠎ᠠ ᠪᠠᠷᠢᠮᠲᠠ ᠶᠢ ᠠᠦ᠋ᠲ᠋ᠤᠴᠢᠯᠠᠨ ᠤᠩᠰᠢᠬᠤ ᠶᠢ ᠪᠡᠶᠡᠯᠡᠭᠦᠯᠵᠦ᠂ ᠬᠢᠯᠢ ᠶᠢᠨ ᠪᠤᠭᠤᠮᠲᠠ ᠶᠢᠨ ᠬᠢᠨᠠᠨ ᠬᠠᠮᠢᠶᠠᠷᠬᠤ ᠮᠡᠲᠡᠭᠡ ᠵᠠᠩᠬᠢ ᠶᠢᠨ ᠠᠦ᠋ᠲ᠋ᠤᠴᠢᠯᠠᠬᠰᠠᠨ ᠬᠠᠷᠢᠴᠠᠭᠤᠯᠤᠯ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠮᠠᠰᠢᠨ ᠲᠡᠷᠭᠡ ᠶᠢ ᠠᠦ᠋ᠲ᠋ᠤᠴᠢᠯᠠᠨ ᠨᠡᠪᠲᠡᠷᠡᠭᠦᠯᠬᠦ ᠶᠢ ᠪᠡᠶᠡᠯᠡᠭᠦᠯᠬᠦ ᠪᠤᠯᠤᠨ᠎ᠠ᠃ ᠡᠭᠦᠨ ᠤ ᠬᠠᠮᠲᠦ᠂ ᠬᠦᠬᠡᠬᠤᠲᠠ ᠬᠢᠯᠢ ᠶᠢᠨ ᠪᠤᠭᠤᠮᠲᠠ ︽ᠤᠷᠢᠳᠴᠢᠯᠠᠨ ᠮᠡᠲᠡᠭᠦᠯᠬᠦ᠂ ᠪᠤᠭᠤᠮᠲᠠ ᠪᠠᠷ ᠰᠢᠯᠭᠠᠨ ᠨᠡᠪᠲᠡᠷᠡᠭᠦᠯᠬᠦ︾ ᠵᠠᠰᠠᠮᠠᠯ ᠵᠠᠮ ᠤᠨ ᠪᠤᠭᠤᠮᠲᠠ ᠶᠢᠨ ᠬᠢᠨᠠᠨ ᠬᠠᠮᠢᠶᠠᠷᠬᠤ ᠠᠵᠢᠯ ᠤᠨ ᠰᠢᠨ᠎ᠡ ᠵᠠᠬᠪᠤᠷ ᠢ ᠡᠬᠢᠯᠡᠨ ᠬᠡᠷᠡᠭᠵᠢᠭᠦᠯᠵᠦ᠂ ᠪᠤᠭᠤᠮᠲᠠ ᠶᠢᠨ ᠤᠷᠤᠨ ᠤ ᠵᠠᠰᠠᠮᠠᠯ ᠵᠠᠮ ᠤᠨ ᠪᠤᠭᠤᠮᠲᠠ ᠪᠠᠷ ᠨᠡᠪᠲᠡᠷᠡᠬᠦ ᠬᠤᠷᠳᠤᠴᠠ ᠶᠡᠬᠡᠪᠡᠷ ᠨᠡᠮᠡᠭᠲᠡᠬᠦ ᠶᠢ ᠲᠠᠬᠢᠨᠲᠠ ᠪᠡᠶᠡᠯᠡᠭᠦᠯᠬᠦ ᠪᠤᠯᠤᠨ᠎ᠠ᠃

ᠤᠶᠤᠨᠲᠦ ᠨᠠᠰᠤᠵᠢᠯ ᠤᠨ ᠠᠰᠠᠷᠠᠮᠵᠢ ᠶᠢᠨ ᠵᠠᠬᠪᠤᠷ  ᠬᠦᠮᠦᠨ ᠠᠮᠠ ᠶᠢᠨ ᠨᠠᠰᠤᠵᠢᠯ ᠤᠨ ᠪᠠᠶᠢᠲᠠᠯ ᠬᠦᠨᠲᠦ ᠬᠡᠴᠡᠭᠦᠦ ᠪᠤᠯᠵᠦ ᠪᠠᠶᠢᠭ᠎ᠠ ᠦᠨᠦᠲᠦᠷ᠂ ᠲᠦᠩᠯᠢᠶᠤᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠤᠷᠳᠤᠨ ᠪᠡᠭᠡᠵᠢᠩ ᠠᠴᠠ ᠪᠦᠬᠦ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠨᠠᠰᠤᠵᠢᠯ ᠤᠨ ᠦᠢᠯᠡᠴᠢᠯᠡᠭᠡᠨ ᠤ ᠲᠠᠪᠴᠠᠩ ︽ᠲᠠᠶᠠᠭ ᠰᠦᠯᠵᠢᠶ᠎ᠡ︾᠎ ᠶᠢ ᠤᠷᠤᠭᠤᠯᠤᠨ᠂ ᠲᠦᠩᠯᠢᠶᠤᠤ ᠬᠤᠲᠠ ᠶᠢᠨ ᠠᠵᠦ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠤᠷᠤᠨ ᠳᠤ ︽ᠰᠦᠯᠵᠢᠶᠡᠨ ᠲᠡᠭᠡᠷᠡᠬᠢ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ︾᠎ ᠢ ᠪᠠᠶᠢᠭᠤᠯᠵᠦ᠂ ᠨᠠᠰᠤᠲᠠᠶᠢᠴᠤᠳ ᠲᠤ ᠬᠡᠷ ᠠᠴᠠ ᠪᠠᠨ ᠭᠠᠷᠬᠤ ᠦᠭᠡᠢ ᠪᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠡᠳ᠋ᠯᠡᠭᠦᠯᠵᠦ ᠴᠢᠲᠠᠪᠠ᠃ ︽ᠤᠶᠤᠨᠲᠦ︾ ᠡᠯᠧᠮᠧᠨ᠋ᠲ ᠢ ᠤᠶᠠᠯᠳᠤᠭᠤᠯᠤᠨ᠂ ︽ᠬᠡᠷ ᠲᠡᠭᠡᠨ ᠰᠠᠭᠤᠵᠦ ᠦᠢᠯᠡᠴᠢᠯᠡᠭᠡ ᠬᠦᠷᠲᠡᠬᠦ︾ ᠨᠠᠰᠤᠵᠢᠯ ᠤᠨ ᠠᠰᠠᠷᠠᠮᠵᠢ ᠶᠢᠨ ᠦᠩᠭᠡᠷᠡᠯᠲᠡ ᠨᠢ ᠠᠯᠬᠤᠮ ᠠᠯᠬᠤᠮ ᠢᠶᠠᠷ ᠬᠡᠢ ᠪᠤᠳᠤᠯ ᠠᠴᠠ ᠪᠤᠲᠠᠲᠤ ᠠᠬᠤᠢ ᠪᠤᠯᠵᠦ ᠪᠡᠶᠡᠯᠡᠭᠳᠡᠨ᠂ ᠨᠠᠰᠤᠵᠢᠯ ᠤᠨ ᠦᠢᠯᠡᠴᠢᠯᠡᠭᠡᠨ ᠤ ᠵᠠᠬ᠎ᠠ ᠲᠡᠯᠭᠡᠭᠦᠷ ᠢ ᠴᠢᠨᠠᠬᠰᠢᠲᠠ ᠨᠡᠭᠡᠭᠡᠵᠦ᠂ ᠨᠠᠰᠤᠵᠢᠯ ᠤᠨ ᠪᠠᠶᠢᠭᠤᠯᠤᠮᠵᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠠᠬᠢᠭᠤᠯᠵᠦ᠂ ᠨᠡᠶᠢᠭᠡᠮ ᠤᠨ ᠬᠦᠴᠦᠨ ᠢ ᠵᠢᠯᠤᠭᠤᠲᠤᠨ ᠨᠠᠰᠤᠵᠢᠯ ᠤᠨ ᠠᠰᠠᠷᠠᠮᠵᠢ ᠶᠢᠨ ᠠᠵᠢᠯ ᠲᠦᠷᠦᠯ ᠳᠤ ᠤᠷᠤᠯᠴᠠᠭᠤᠯᠬᠤ ᠳᠤ ᠨᠡᠩ ᠤᠯᠠᠨ ᠪᠤᠯᠤᠮᠵᠢ ᠬᠠᠩᠭᠠᠵᠠᠢ᠃ ᠶᠠᠷᠢᠶᠠᠨ ᠦᠭᠡᠢ ᠰᠢᠨ᠎ᠡ ᠪᠠᠷ ᠪᠤᠢ ᠪᠤᠯᠤᠬᠰᠠᠨ ᠤᠶᠤᠨᠲᠦ ᠨᠠᠰᠤᠵᠢᠯ ᠨᠢ ᠮᠦᠨ ᠠᠩᠬᠠᠨ ᠤ ᠱᠠᠲᠤᠨ ᠳᠠᠭᠠᠨ ᠪᠠᠶᠢᠵᠤ᠂ ᠡᠭᠦᠨ ᠤ ᠲᠤᠬᠠᠢ ᠨᠠᠰᠤᠲᠠᠶᠢᠴᠤᠳ ᠤᠨ ᠬᠡᠷᠡᠭᠯᠡᠭᠡᠨ ᠤ ᠤᠢᠢᠯᠠᠭᠠᠬᠲᠠᠬᠤᠨ᠂ ᠦᠵᠡᠯ ᠰᠠᠨᠠᠭᠠᠨ ᠤ ᠤᠢᠢᠯᠠᠭᠠᠬᠲᠠᠬᠤᠨ ᠮᠦᠨ ᠤᠯᠠᠮᠵᠢᠯᠠᠯᠲᠦ ᠮᠠᠶ᠋ᠢᠬ ᠢᠶᠠᠷ ᠢᠶᠠᠨ ᠪᠠᠶᠢᠬᠤ᠂ ᠵᠠᠷᠢᠮ ᠨᠠᠰᠤᠲᠠᠶᠢᠴᠤᠳ ᠤᠶᠤᠨᠲᠦ ᠲᠦᠭᠦᠭᠡᠷᠦᠮᠵᠢ ᠶᠢ ᠬᠡᠷᠡᠭᠯᠡᠵᠦ ᠴᠢᠲᠠᠬᠤ ᠦᠭᠡᠢ ᠪᠠᠶᠢᠬᠤ ᠵᠡᠷᠭᠡ ᠶᠢᠨ ᠠᠰᠠᠭᠤᠲᠠᠯ ᠢᠯᠡᠷᠡᠭᠦ ᠪᠤᠯᠤᠮᠵᠢ ᠲᠠᠢ᠃ ᠡᠶᠢᠮᠦ ᠠᠴᠠ ᠤᠶᠤᠨᠲᠦ ᠨᠠᠰᠤᠵᠢᠯ ᠤᠨ ᠵᠠᠬᠪᠤᠷ ᠢᠶᠠᠷ ᠨᠠᠰᠤᠲᠠᠶᠢᠴᠤᠳ ᠤᠨ ᠬᠦᠷᠲᠡᠮᠵᠢ ᠶᠢᠨ ᠲᠦᠷᠦᠭᠲᠡᠯ᠂ ᠵᠤᠯ ᠵᠢᠷᠭᠠᠯᠲᠦ ᠲᠦᠷᠦᠭᠲᠡᠯ ᠪᠤᠯᠤᠨ ᠤᠷᠤᠯᠴᠠᠬᠤ ᠲᠦᠷᠦᠭᠲᠡᠯ ᠢ ᠦᠨᠡᠨᠬᠦ ᠲᠡᠭᠡᠭᠰᠢᠯᠡᠭᠦᠯᠬᠦ ᠳᠤ᠂ ᠡᠩ ᠲᠡᠷᠢᠭᠦᠨ ᠳᠤ ᠤᠶᠤᠨᠲᠦ ᠨᠠᠰᠤᠵᠢᠯ ᠤᠨ ᠪᠡᠯᠡ ᠤᠷᠤᠭᠤᠯᠤᠯᠲᠠ ᠶᠢ ᠶᠡᠬᠡᠰᠬᠡᠵᠦ᠂ ᠬᠠᠮᠢᠶ᠎ᠠ ᠪᠦᠬᠦᠢ ᠮᠡᠷᠭᠡᠵᠢᠯ ᠤᠨ ᠠᠰᠠᠭᠤᠲᠠᠯ ᠢ ᠲᠦᠷᠬᠡᠳᠬᠡᠨ ᠰᠢᠪᠲᠤᠯᠵᠦ᠂ ᠮᠡᠷᠭᠡᠵᠢᠯ ᠢᠶᠠᠷ ᠲᠠᠮᠵᠢᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠪᠠ ᠲᠡᠭᠦᠯᠲᠡᠷᠵᠢᠭᠦᠯᠦᠨ᠎ᠡ  ᠲᠠᠷᠠᠭ᠎ᠠ ᠨᠢ ᠤᠬᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠵᠦ᠂ ᠨᠠᠰᠤᠲᠠᠶᠢᠴᠤᠳ ᠲᠤ ᠤᠶᠤᠨᠲᠦ ᠨᠠᠰᠤᠵᠢᠯ ᠤᠨ ᠠᠪᠴᠢᠷᠠᠬᠰᠠᠨ ᠠᠰᠢᠬ ᠲᠤᠰᠠ ᠪᠤᠯᠤᠨ ᠲᠦᠭᠦᠮ ᠲᠦᠲᠡ ᠶᠢ ᠤᠢᠢᠯᠠᠭᠠᠭᠤᠯᠵᠦ᠂ ᠤᠶᠤᠨᠲᠦ ᠨᠠᠰᠤᠵᠢᠯ ᠤᠨ ᠬᠡᠷᠡᠭᠯᠡᠭᠡᠨ ᠤ ᠤᠢᠢᠯᠠᠭᠠᠬᠲᠠᠬᠤᠨ ᠢ ᠨᠢ ᠬᠦᠮᠦᠵᠢᠭᠦᠯᠦᠨ᠎ᠡ  ᠡᠴᠦᠰ ᠲᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠨᠢᠭᠡᠲᠦᠯᠲᠡᠢ ᠲᠦᠯᠦᠪᠵᠢᠭᠦᠯᠵᠦ ᠵᠤᠬᠢᠴᠠᠭᠤᠯᠬᠤ ᠪᠠᠨ ᠴᠢᠩᠭᠠᠳᠬᠠᠵᠦ᠂ ᠮᠡᠷᠭᠡᠵᠢᠯ ᠤᠨ ᠲᠦᠭᠦᠭᠡᠷᠦᠮᠵᠢ ᠶᠢ ᠰᠤᠳᠤᠯᠤᠨ ᠨᠡᠭᠡᠭᠡᠬᠦ᠂ ᠤᠶᠤᠨᠲᠦ ᠨᠠᠰᠤᠵᠢᠯ ᠤᠨ ᠬᠠᠮᠢᠶᠠᠷᠤᠯᠲᠠ ᠪᠤᠯᠤᠨ ᠦᠢᠯᠡᠴᠢᠯᠡᠭᠡ ᠵᠡᠷᠭᠡ ᠠᠵᠢᠯ ᠢ ᠰᠠᠶᠢᠲᠦᠷ ᠬᠢᠪᠡᠯ ᠵᠤᠬᠢᠨ᠎ᠠ᠃   
      
      

    
  



  

      
             
   13684719585   altanhurdu@163.com
           sorqin@sorqin.com
 ICP   12001629  
    15010502000302  